9 ᠰᠠᠷ᠎ᠠ ᠶᠢᠨ 20 ᠤ ᠡᠳᠦᠷ᠂ 2022 ᠣᠨ ᠤ ᠦᠬᠠᠢ ᠵᠢᠴᠢ ᠡᠷᠬᠢᠨ ᠲᠣᠭᠤᠷᠢᠨ ᠤ ᠠᠶᠢᠮᠠᠭ | ᠬᠤᠳᠠ ᠶᠢᠨ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ | ᠬᠤᠷᠠᠯ ᠮᠠᠨ ᠤ ᠬᠤᠳᠠ ᠳᠤ ᠬᠤᠷᠠᠯᠳᠤᠪᠠ᠃ | ᠬᠤᠷᠠᠯ ᠳᠡᠭᠡᠷ᠎ᠡ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ | ᠪᠠᠩᠬᠢ ᠵᠡᠷᠭᠡ 3 ᠮᠥᠩᠭᠦᠨ ᠬᠦᠢᠯᠭᠡᠭᠡᠨ ᠤ ᠪᠠᠶᠢᠭᠤᠯᠤᠮᠵᠢ ᠲᠣᠰ ᠲᠣᠰ ᠰᠣᠶᠣᠯ ᠤᠨ ᠠᠵᠤ ᠦᠢᠯᠡᠰ᠂ | ᠵᠢᠭᠤᠯᠴᠢᠯᠠᠯ ᠤᠨ ᠠᠵᠢᠯ ᠲᠥᠷᠥᠯ ᠤᠨ ᠪᠠᠯᠠ ᠲᠣᠬᠢᠷᠠᠭᠤᠯᠭ᠎ᠠ ᠶᠢᠨ ᠱᠠᠭᠠᠷᠳᠠᠯᠭ᠎ᠠ᠂ ᠮᠥᠩᠭᠦᠨ ᠬᠦᠢᠯᠭᠡᠭᠡᠨ ᠤ | ᠦᠢᠯᠡᠳᠬᠦᠨ ᠪᠠ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠵᠣᠯᠭᠠᠯᠴᠠᠭ᠎ᠠ ᠶᠢᠨ ᠪᠠᠶᠢᠳᠠᠯ ᠢᠶᠠᠨ | ᠲᠠᠨᠢᠯᠴᠠᠭᠤᠯᠪᠠ᠃ ᠮᠠᠨ ᠤ ᠬᠤᠳᠠ ᠪᠣᠯᠤᠨ ᠡᠷᠬᠢᠨ ᠲᠣᠭᠤᠷᠢᠨ ᠤ ᠠᠶᠢᠮᠠᠭ ᠬᠤᠳᠠ ᠶᠢᠨ ᠰᠣᠶᠣᠯ ᠵᠢᠭᠤᠯᠴᠢᠯᠠᠯ ᠤᠨ | ᠠᠵᠤ ᠠᠬᠤᠶᠢᠯᠠᠯ ᠤᠨ ᠲᠥᠯᠥᠭᠡᠯᠡᠭᠴᠢ ᠠᠴᠠ ᠦᠬᠠᠢ ᠶᠢᠨ ᠰᠠᠭᠤᠭᠳᠠᠯ · ᠬᠠᠳᠤᠨ ᠭᠤᠣᠯ ᠤᠨ ᠨᠡᠶᠢᠯᠡᠮᠡᠯ ᠰᠢᠨ᠎ᠡ | ᠡᠵᠡᠩᠨᠡᠯᠲᠡ ᠶᠢᠨ ᠬᠡᠯᠪᠡᠷᠢ ᠶᠢᠨ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ᠂ ᠠᠯᠠᠱᠠ ᠠᠶᠢᠮᠠᠭ ᠤᠨ | ᠠᠯᠠᠱᠠ ᠠᠭᠤᠯᠠᠨ ᠤ ᠤᠢ ᠰᠢᠭᠤᠢ ᠶᠢᠨ ᠡᠷᠡᠭᠦᠯ ᠮᠡᠨᠳᠦ ᠶᠢ ᠬᠠᠮᠠᠭᠠᠯᠠᠬᠤ ᠲᠥᠪ ᠵᠡᠷᠭᠡ 12 ᠲᠦᠷᠦᠯ ᠵᠦᠢᠯ ᠤᠨ | ᠦᠨᠳᠦᠰᠦᠨ ᠪᠠᠶᠢᠳᠠᠯ ᠵᠢᠴᠢ ᠪᠡᠯᠡ ᠮᠥᠩᠭᠦ ᠴᠤᠭᠯᠠᠭᠤᠯᠬᠤ ᠬᠡᠷᠡᠭᠴᠡᠭᠡ ᠪᠠᠨ ᠲᠠᠨᠢᠯᠴᠠᠭᠤᠯᠵᠤ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠲᠤᠬᠠᠢ ᠶᠢᠨ ᠲᠠᠯᠠᠪᠠᠢ ᠳᠤ ᠠᠩᠬ᠎ᠠ ᠠᠯᠬᠤᠮ ᠤᠨ ᠦᠨᠡᠯᠡᠯᠲᠡ | ᠬᠢᠵᠦ᠂ ᠪᠠᠩᠬᠢ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠭᠦᠨᠵᠡᠭᠡᠢ ᠰᠣᠯᠢᠯᠴᠠᠪᠠ᠃ | ᠵᠠᠰᠠᠭ ᠤᠨ ᠣᠷᠳᠣᠨ ᠲᠠᠪᠴᠠᠩ ᠪᠠᠶᠢᠭᠤᠯᠬᠤ᠂ ᠪᠠᠩᠬᠢ ᠪᠣᠯᠤᠨ ᠠᠵᠤ ᠠᠬᠤᠶᠢᠯᠠᠯ ᠬᠠᠮᠲᠤᠷᠠᠯᠴᠠᠬᠤ ᠪᠣᠯ | ᠰᠣᠶᠣᠯ ᠵᠢᠭᠤᠯᠴᠢᠯᠠᠯ ᠤᠨ ᠠᠵᠢᠯ ᠲᠦᠷᠦᠯ ᠤᠨ ᠰᠡᠷᠭᠦᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ | ᠪᠣᠯᠤᠨ᠎ᠠ᠃ ᠲᠣᠰ ᠤᠳᠠᠭᠠᠨ ᠤ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠨᠢ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠪᠠᠩᠬᠢ ᠪᠠ ᠠᠵᠤ ᠠᠬᠤᠶᠢᠯᠠᠯ ᠢ | ᠵᠣᠯᠭᠠᠭᠤᠯᠬᠤ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠢᠳᠡᠪᠬᠢᠲᠡᠶ ᠪᠠᠶᠢᠭᠤᠯᠵᠤ᠂ ᠪᠠᠯᠠ ᠮᠥᠩᠭᠦ ᠶᠢᠨ | ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠶᠢᠨ ᠨᠠᠩ ᠭᠦᠨᠵᠡᠭᠡᠶ ᠣᠶᠢᠯᠠᠭᠠᠬᠤ᠂ ᠨᠠᠩ ᠰᠢᠭᠤᠳ ᠰᠣᠯᠢᠯᠴᠠᠬᠤ ᠪᠠ ᠨᠠᠩ | ᠥᠷᠭᠡᠨ ᠢᠶᠠᠷ ᠬᠠᠮᠲᠤᠷᠠᠯᠴᠠᠬᠤ ᠶᠢ ᠳᠥᠯᠭᠢᠨ ᠠᠬᠢᠭᠤᠯᠵᠤ᠂ ᠠᠵᠤ ᠠᠬᠤᠶᠢᠯᠠᠯ ᠤᠨ ᠵᠦᠶ ᠵᠣᠬᠢᠰᠲᠠᠶ ᠪᠠᠯᠠ | ᠮᠥᠩᠭᠦ ᠶᠢᠨ ᠬᠡᠷᠡᠭᠴᠡᠭᠡ ᠶᠢ ᠬᠦᠢᠴᠡᠳ ᠪᠠᠲᠤᠯᠠᠨ᠂ ᠮᠠᠨ ᠤ ᠬᠤᠲᠠ ᠵᠢᠴᠢ ᠡᠷᠬᠢᠨ ᠲᠣᠭᠤᠷᠢᠨ ᠤ ᠠᠶᠢᠮᠠᠭ | ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ | ᠲᠥᠯᠥᠭᠡ ᠶᠤᠮ᠃ | |