9 ᠰᠠᠷ᠎ᠠ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠤᠨ ᠬᠢᠨ ᠶᠢᠨ ᠢᠦᠢ ᠨᠡᠶᠢᠭᠡᠮ ᠲᠣᠭᠤᠷᠢᠭ ᠤᠨ | ᠬᠠᠶᠢᠪᠸᠢ ᠪᠠᠭ᠎ᠠ ᠲᠣᠭᠤᠷᠢᠭ ᠤᠨ ᠶᠡᠷᠦᠩᠬᠡᠶᠢᠯᠡᠭᠰᠡᠨ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢᠨ ᠳᠦᠷᠦᠯ | ᠵᠦᠢᠯ ᠢ ᠡᠬᠢᠯᠡᠨ ᠬᠡᠷᠡᠭᠵᠢᠭᠦᠯᠵᠦ᠂ ᠬᠤᠲᠠ ᠲᠣᠭᠤᠷᠢᠭ ᠤᠨ ᠳᠣᠲᠣᠷᠠᠬᠢ ᠢᠵᠢ ᠪᠦᠷᠢᠳᠦᠭᠰᠡᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠵᠤ᠂ ᠤᠯᠠᠨ ᠲᠦᠮᠡᠨ ᠤ | ᠣᠷᠣᠰᠢᠨ ᠰᠠᠭᠤᠬᠤ ᠣᠷᠴᠢᠨ ᠲᠣᠭᠤᠷᠢᠨ ᠢ ᠨᠡᠩ ᠴᠢᠨᠠᠭᠰᠢᠳᠠ ᠰᠠᠶᠢᠵᠢᠷᠠᠭᠤᠯᠪᠠ᠃ | ᠬᠠᠶᠢᠪᠸᠢ ᠪᠠᠭ᠎ᠠ ᠲᠣᠭᠤᠷᠢᠭ ᠢ ᠬᠤᠶᠠᠷ ᠭᠡᠰᠡᠭ ᠬᠤᠪᠢᠶᠠᠵᠤ᠂ ᠬᠤᠶᠢᠲᠤ ᠲᠠᠯ᠎ᠠ ᠶᠢᠨ ᠲᠥᠪᠯᠡᠷᠡᠭᠰᠡᠨ | ᠲᠣᠭᠤᠷᠢᠭ ᠲᠤ 610 ᠡᠷᠦᠬᠡ ᠰᠠᠭᠤᠭᠠᠯᠢ ᠠᠷᠠᠳ ᠲᠠᠢ᠂ ᠡᠮᠦᠨ᠎ᠡ ᠲᠠᠯ᠎ᠠ ᠶᠢᠨ ᠶᠡᠭᠡ ᠬᠦᠷᠢᠶᠡᠨ ᠤ ᠲᠣᠭᠤᠷᠢᠭ ᠲᠤ | 82 ᠡᠷᠦᠬᠡ ᠪᠠᠶᠢᠵᠤ᠂ ᠨᠡᠶᠢᠲᠡ 692 ᠡᠷᠦᠬᠡ ᠪᠣᠶ᠃ ᠰᠢᠨ᠎ᠡ ᠪᠠᠷ ᠪᠠᠶᠢᠭᠤᠯᠤᠭᠰᠠᠨ ᠢᠯᠴᠢ ᠬᠠᠩᠭᠠᠬᠤ | ᠬᠤᠭᠤᠯᠠᠢ ᠶᠢᠨ ᠲᠣᠣᠷ ᠲᠤ ᠥᠭᠡᠷᠡᠴᠢᠯᠡᠯᠲᠡ ᠬᠢᠵᠦ᠂ ᠰᠢᠨ᠎ᠡ ᠪᠠᠷ ᠨᠡᠮᠡᠭᠳᠡᠭᠦᠯᠦᠭᠰᠡᠨ ᠢᠯᠴᠢ ᠬᠠᠩᠭᠠᠬᠤ ᠲᠠᠯᠠᠪᠠᠶ ᠨᠢ | ᠪᠠᠷᠤᠭ 6.92 ᠲᠦᠮᠡᠨ ᠲᠡᠭᠰᠢ ᠳᠥᠷᠪᠡᠯᠵᠢᠨ ᠮᠧᠲᠷ ᠪᠣᠯᠣᠨ᠎ᠠ᠃ ᠪᠣᠬᠢᠷ ᠤᠰᠤᠨ ᠤ ᠬᠤᠭᠤᠯᠠᠢ ᠶᠢᠨ ᠲᠣᠣᠷ ᠢ | 11 ᠺᠢᠯᠣᠮᠧᠲᠷ ᠥᠭᠡᠷᠡᠴᠢᠯᠡᠵᠦ᠂ ᠤᠰᠤ ᠬᠠᠩᠭᠠᠬᠤ ᠬᠤᠭᠤᠯᠠᠢ ᠶᠢᠨ ᠲᠣᠣᠷ ᠢ 12 ᠺᠢᠯᠣᠮᠧᠲᠷ ᠥᠭᠡᠷᠡᠴᠢᠯᠡᠵᠦ᠂ | ᠭᠤᠳᠤᠮᠵᠢᠨ ᠵᠠᠮ ᠢ 1.2 ᠲᠦᠮᠡᠨ ᠲᠡᠭᠰᠢ ᠳᠥᠷᠪᠡᠯᠵᠢᠨ ᠮᠧᠲᠷ ᠵᠠᠰᠠᠪᠠ᠃ | ᠲᠤᠰ ᠲᠦᠷᠦᠯ ᠵᠦᠢᠯ ᠢ 9 ᠰᠠᠷ᠎ᠠ ᠶᠢᠨ ᠡᠬᠢ ᠪᠠᠷ ᠡᠬᠢᠯᠡᠭᠦᠯᠵᠦ᠂ ᠣᠳᠣᠬᠠᠨ ᠳᠤ ᠨᠢᠭᠡᠨᠲᠡ 1100 ᠮᠧᠲᠷ | ᠤᠰᠤ ᠲᠠᠲᠠᠷᠠᠭᠤᠯᠬᠤ ᠬᠤᠭᠤᠯᠠᠢ᠂ 1900 ᠮᠧᠲᠷ ᠳᠤᠯᠠᠭᠠᠯᠠᠭ᠎ᠠ ᠶᠢᠨ ᠬᠤᠭᠤᠯᠠᠢ᠂ 920 ᠮᠧᠲᠷ ᠤᠰᠤ | ᠬᠠᠩᠭᠠᠬᠤ ᠬᠤᠭᠤᠯᠠᠢ ᠶᠢ ᠳᠡᠪᠢᠰᠴᠦ᠂ 11 ᠰᠠᠷ᠎ᠠ ᠶᠢᠨ ᠰᠡᠭᠦᠯᠴᠢ ᠪᠠᠷ ᠳᠠᠭᠤᠰᠬᠠᠬᠤ ᠪᠠᠷ ᠲᠥᠯᠥᠪᠯᠡᠵᠦ ᠪᠤᠢ᠃ | ᠲᠦᠷᠦᠯ ᠵᠦᠢᠯ ᠢ ᠬᠡᠷᠡᠭᠵᠢᠭᠦᠯᠬᠦ ᠨᠢ ᠬᠠᠶᠢᠪᠸᠢ ᠪᠠᠭ᠎ᠠ ᠲᠣᠭᠤᠷᠢᠭ ᠤᠨ ᠢᠵᠢ ᠪᠦᠷᠢᠳᠦᠭᠰᠡᠨ ᠰᠠᠭᠤᠷᠢ | ᠲᠥᠬᠦᠭᠡᠷᠦᠮᠵᠢ ᠶᠢᠨ ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠵᠣᠯ | ᠵᠢᠷᠭᠠᠯ ᠤᠨ ᠬᠡᠮᠵᠢᠶ᠎ᠡ ᠶᠢ ᠳᠡᠭᠡᠭᠰᠢᠯᠡᠭᠦᠯᠬᠦ ᠪᠣᠯᠣᠨ᠎ᠠ᠃ |