9 ᠰᠠᠷ᠎ᠠ ᠶᠢᠨ 25 ᠤ ᠡᠳᠦᠷ᠂ ᠨᠠᠮ ᠤᠨ ᠬᠤᠷᠢᠳᠣᠭᠠᠷ ᠶᠡᠭᠡ ᠬᠤᠷᠠᠯ ᠢ ᠪᠠᠶᠠᠷᠯᠠᠨ ᠣᠭᠲᠣᠵᠣ ᠪᠢᠷ | ᠪᠡᠭᠡᠰ ᠤᠨ ᠬᠢᠯᠪᠠᠭ᠎ᠠ ᠶᠢ ᠠᠭᠠᠷ ᠲᠤᠷ ᠰᠣᠯᠣᠩᠭᠠᠷᠠᠭᠤᠯᠤᠨᠠᠮ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ | ᠬᠤᠲᠠ · ᠦᠬᠠᠶ︾ ᠶᠢᠨ ᠪᠥᠬᠦ ᠤᠯᠤᠰ ᠤᠨ ᠵᠠᠭᠤᠨ ᠨᠢᠰᠬᠡᠯ ᠤᠨ ᠪᠠᠭᠤᠳᠠᠯ ᠤᠨ ᠤᠷᠠᠨ ᠪᠢᠴᠢᠯᠭᠡ ᠤᠷᠠᠨ ᠵᠢᠷᠤᠭ | ᠬᠡᠷᠡᠯ ᠵᠢᠷᠤᠭ ᠤᠨ ᠪᠦᠲᠦᠭᠡᠯ ᠤᠨ ᠲᠣᠭᠤᠷᠢᠨ ᠦᠵᠡᠭᠦᠯᠦᠯᠭᠡ ︵ᠠᠩᠬᠠᠨ ᠤ ᠦᠵᠡᠭᠦᠯᠦᠯᠭᠡ︶ ᠬᠥᠬᠡᠬᠤᠲᠠ ᠶᠢᠨ | ᠴᠠᠭᠠᠨ ᠰᠣᠪᠣᠷᠭ᠎ᠠ ᠨᠢᠰᠬᠡᠯ ᠤᠨ ᠪᠠᠭᠤᠳᠠᠯ ᠳᠤ ᠶᠠᠪᠤᠭᠳᠠᠪᠠ᠃ ᠥᠪᠥᠷ ᠮᠣᠩᠭᠤᠯ ᠤᠨ ᠤᠳᠬ᠎ᠠ ᠤᠷᠠᠯᠢᠭ ᠤᠨ | ᠬᠤᠯᠪᠤᠭᠠᠲᠤ ᠬᠤᠷᠠᠯ ᠤᠨ ᠲᠡᠷᠢᠭᠦᠯᠡᠭᠴᠢ ᠵᠢᠢ ᠰᠢᠶᠤᠤ ᠴᠢᠩ᠂ ᠥᠪᠥᠷ ᠮᠣᠩᠭᠤᠯ ᠤᠨ ᠠᠷᠠᠳ ᠤᠨ ᠠᠭᠠᠷ ᠤᠨ | ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠤᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠴᠧᠨ ᠵᠢᠶᠠᠨ | ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠢᠭᠡᠳᠦᠭᠡᠷ ᠳᠡᠰ ᠤᠨ | ᠲᠣᠭᠤᠷᠢᠨ ᠪᠠᠶᠢᠴᠠᠭᠠᠭᠴᠢ ᠬᠤᠤ ᠳ᠋ᠠᠩ ᠵᠧᠩ ᠦᠵᠡᠬᠦᠯᠦᠯᠭᠡ ᠳᠤ ᠣᠷᠣᠯᠴᠠᠪᠠ᠃ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ ᠪᠠᠶᠠᠷ ᠤᠨ ᠦᠭᠡ ᠬᠡᠯᠡᠪᠡ᠃ ᠬᠤᠲᠠ ᠶᠢᠨ | ᠤᠳᠤᠷᠢᠳᠤᠯᠭ᠎ᠠ ᠮᠧᠩ ᠫᠸᠢ ᠶᠦᠨ᠂ ᠴᠢᠶᠣᠤ ᠢᠦᠶ ᠨᠡᠷ ᠦᠵᠡᠬᠦᠯᠦᠯᠭᠡ ᠳᠤ ᠣᠷᠣᠯᠴᠠᠪᠡ᠃ | ᠶᠠᠩ ᠶᠢᠨ ᠪᠠᠶᠠᠷ ᠤᠨ ᠦᠭᠡ ᠳᠡᠭᠡᠨ ᠬᠡᠯᠡᠭᠰᠡᠨ ᠨᠢ᠂ ᠤᠢᠢᠷ᠎ᠠ ᠶᠢᠨ ᠵᠢᠯ ᠠᠴᠠ ᠨᠠᠰᠢ᠂ ᠦᠬᠠᠢ | ᠬᠤᠳᠠ ᠶᠢᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠤᠳᠬ᠎ᠠ ᠤᠷᠠᠯᠢᠭ ᠤᠨ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠷᠠᠨ ᠪᠢᠴᠢᠯᠭᠡ ᠶᠢᠨ ᠰᠣᠶᠣᠯ ᠢ ᠶᠡᠬᠡᠪᠡᠷ | ᠤᠯᠠᠮᠵᠢᠯᠠᠨ ᠪᠠᠳᠠᠷᠠᠭᠤᠯᠵᠤ᠂ ᠰᠠᠭᠤᠷᠢ ᠪᠠᠨ ᠪᠠᠲᠤᠳᠬᠠᠬᠤ᠂ ᠴᠢᠳᠠᠪᠤᠷᠢᠲᠠᠨ ᠢ ᠬᠥᠮᠦᠵᠢᠭᠦᠯᠬᠦ᠂ ᠠᠵᠤ ᠦᠢᠯᠡᠰ ᠢ | ᠬᠦᠴᠦᠷᠬᠡᠭᠵᠢᠭᠦᠯᠬᠦ᠂ ᠲᠦᠷᠦᠯ ᠲᠡᠮᠳᠡᠭ ᠢ ᠱᠤᠭᠤᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠤᠷᠠᠨ | ᠪᠢᠴᠢᠯᠭᠡ ᠶᠢᠨ ᠦᠢᠯᠡᠰ ᠲᠤ ᠥᠷᠨᠢᠩᠭᠦᠢ ᠬᠥᠭᠵᠢᠭᠰᠡᠨ ᠰᠠᠶᠢᠨ ᠰᠠᠶᠢᠬᠠᠨ ᠪᠠᠶᠢᠳᠠᠯ ᠢᠯᠡᠷᠡᠵᠡᠢ᠃ ᠲᠣᠰ ᠤᠳᠠᠭᠠᠨ ᠤ | ᠠᠵᠢᠯᠯᠠᠭ᠎ᠠ ᠨᠢ ᠮᠠᠨ ᠤ ᠬᠤᠲᠠ ᠶᠢᠨ ᠤᠳᠬ᠎ᠠ ᠤᠷᠠᠯᠢᠭ ᠤᠨ ᠦᠢᠯᠡᠰ ᠤᠨ ᠬᠥᠭᠵᠢᠯᠲᠡ ᠶᠢᠨ ᠡᠯᠪᠡᠭ ᠪᠠᠶᠠᠯᠢᠭ | ᠦᠷ᠎ᠡ ᠪᠦᠲᠦᠭᠡᠯ ᠢ ᠭᠦᠢᠴᠡᠳ ᠬᠠᠷᠠᠭᠤᠯᠵᠤ᠂ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ · ᠦᠬᠠᠢ︾ | ᠶᠢᠨ ᠨᠡᠷᠡᠲᠦ ᠲᠡᠮᠳᠡᠭ ᠢ ᠤᠯᠠᠮ ᠨᠢᠭᠡ ᠠᠯᠬᠤᠮ ᠲᠣᠳᠣᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ | ᠭᠡᠵᠡᠢ᠃ | ᠲᠤᠰ ᠤᠳᠠᠭᠠᠨ ᠤ ᠦᠵᠡᠭᠦᠯᠦᠯᠭᠡ ᠳᠤ ᠨᠡᠶᠢᠲᠡ 40 ᠤᠷᠠᠨ ᠪᠢᠴᠢᠯᠭᠡ ᠶᠢᠨ ᠪᠦᠲᠦᠭᠡᠯ᠂ 20 ᠬᠢᠲᠠᠳ | ᠵᠢᠷᠤᠭ ᠤᠨ ᠪᠦᠲᠦᠭᠡᠯ᠂ 20 ᠲᠣᠰᠣᠨ ᠪᠤᠳᠤᠭ ᠤᠨ ᠵᠢᠷᠤᠭ ᠤᠨ ᠪᠦᠲᠦᠭᠡᠯ᠂ 20 ᠭᠡᠷᠡᠯ ᠵᠢᠷᠤᠭ ᠤᠨ ᠪᠦᠲᠦᠭᠡᠯ ᠢ | ᠳᠡᠯᠭᠡᠨ ᠦᠵᠡᠭᠦᠯᠵᠡᠶ᠃ |