9 ᠰᠠᠷ᠎ᠠ ᠶᠢᠨ 3 ᠤ ᠡᠳᠦᠷ᠂ ︽ᠰᠢᠨ᠎ᠡ ᠠᠶᠠᠨ ᠵᠠᠮ ᠳᠤ ᠡᠷᠡᠯᠬᠡᠭᠯᠡᠨ ᠣᠷᠣᠭᠰᠢᠯᠠᠵᠤ ᠰᠢᠨ᠎ᠡ ᠴᠠᠭ ᠦᠶ᠎ᠡ | ᠳᠤ ᠭᠠᠪᠢᠶ᠎ᠠ ᠪᠠᠶᠢᠭᠤᠯᠤᠶ᠎ᠠ︾ ᠭᠡᠬᠦ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ | ᠪᠠᠭᠤᠳᠠᠯ ᠤᠨ ᠪᠦᠯᠦᠭᠯᠡᠯᠲᠣ ᠺᠣᠮᠫᠠᠨᠢ ᠶᠢᠨ ᠨᠠᠢᠮᠠᠳᠣᠭᠠᠷ ᠬᠤᠭᠤᠴᠠᠭᠠᠨ ᠤ ︽ᠠᠨ ᠺᠠᠩ ᠬᠤᠨᠳᠠᠭᠠᠲᠤ︾ ᠠᠵᠢᠯᠲᠠᠨ | ᠠᠵᠢᠯᠴᠢᠨ ᠤ ᠫᠢᠩᠫᠠᠩ ᠪᠥᠮᠪᠦᠭᠡ ᠦᠲᠦᠨ ᠪᠦᠮᠪᠦᠭᠡ ᠶᠢᠨ ᠤᠷᠤᠯᠳᠤᠭᠠᠨ ᠬᠤᠳᠠ ᠶᠢᠨ ᠪᠡᠶ᠎ᠡ ᠶᠢᠨ ᠲᠠᠮᠢᠷ ᠤᠨ | ᠲᠥᠪ ᠲᠤ ᠶᠠᠪᠤᠭᠳᠠᠪᠠ᠃ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ | ᠪᠠᠭᠤᠳᠠᠯ ᠤᠨ ᠪᠦᠯᠦᠭᠯᠡᠯᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠴᠧᠨ ᠵᠢᠶᠠᠨ ᠵᠢᠶᠦ᠋ᠨ ᠡᠭᠢᠯᠡᠯᠳᠡ ᠶᠢᠨ ᠶᠤᠰᠣᠯᠠᠯ | ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ | ᠤᠷᠤᠯᠳᠤᠭᠠᠨ ᠳᠤ ᠣᠷᠣᠯᠴᠠᠭᠰᠠᠨ ᠪᠥᠭᠡᠳ ᠤᠷᠤᠯᠳᠤᠭᠠᠨ ᠡᠬᠢᠯᠡᠭᠰᠡᠨ ᠢ ᠵᠠᠷᠯᠠᠪᠠ᠃ ᠥᠪᠥᠷ ᠮᠣᠩᠭᠤᠯ ᠤᠨ | ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯᠲᠣ ᠺᠣᠮᠫᠠᠨᠢ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠵᠠᠩ ᠾᠦᠢ᠂ ᠥᠪᠥᠷ | ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯᠲᠤ ᠺᠣᠮᠫᠠᠨᠢ ᠶᠢᠨ | ᠲᠡᠳ᠋ ᠶᠡᠷᠦᠩᠬᠡᠢ ᠵᠠᠬᠢᠷᠣᠯ ᠵᠠᠩ ᠵᠢᠶᠦ᠋ᠨ ᠡᠬᠢᠯᠡᠯᠳᠡ ᠶᠢᠨ ᠶᠤᠰᠣᠯᠠᠯ ᠳᠤ ᠣᠷᠣᠯᠴᠠᠪᠠ᠃ ᠬᠤᠳᠠ ᠶᠢᠨ ᠳᠡᠳ᠋ | ᠳᠠᠷᠤᠭ᠎ᠠ ᠭᠦᠸᠧ ᠢ ᠵᠢᠶᠧ ᠪᠠᠶᠠᠷ ᠤᠨ ᠦᠭᠡ ᠬᠡᠯᠡᠪᠡ᠃ | ᠭᠦᠸᠧ ᠢ ᠵᠢᠶᠧ ᠪᠠᠶᠠᠷ ᠤᠨ ᠦᠭᠡ ᠳᠡᠭᠡᠨ ᠭᠡᠯᠡᠭᠰᠡᠨ ᠨᠢ᠂ ᠥᠪᠥᠷ ᠮᠣᠩᠭᠤᠯ ᠤᠨ ᠠᠷᠠᠳ ᠤᠨ ᠠᠭᠠᠷ ᠤᠨ | ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯᠲᠣ ᠺᠣᠮᠫᠠᠨᠢ ᠶᠢᠨ ᠬᠢᠨ ᠡᠨᠡ ᠣᠳᠠᠭᠠᠨ ᠤ ᠫᠢᠩᠫᠠᠩ ᠪᠥᠮᠪᠦᠭᠡ | ᠦᠲᠦᠨ ᠪᠦᠮᠪᠦᠭᠡ ᠶᠢᠨ ᠤᠷᠤᠯᠳᠤᠭᠠᠨ ᠢ ᠦᠬᠠᠢ ᠳᠤ ᠡᠷᠭᠢᠯᠡᠬᠦ ᠪᠠᠷ ᠪᠤᠯᠤᠭᠰᠠᠨ ᠨᠢ ᠮᠠᠨ ᠤ ᠬᠤᠳᠠ ᠶᠢᠨ ᠪᠡᠶ᠎ᠡ ᠶᠢᠨ | ᠲᠠᠮᠢᠷ ᠪᠡᠶ᠎ᠡ ᠴᠢᠭᠢᠷᠠᠭᠵᠢᠭᠤᠯᠤᠯᠲᠠ ᠶᠢᠨ ᠦᠢᠯᠡᠰ ᠢ ᠳᠡᠭᠡᠳᠦ ᠬᠡᠮᠵᠢᠶ᠎ᠡ ᠪᠠᠷ ᠮᠡᠳᠡᠷᠡᠵᠦ ᠪᠠᠶᠢᠬᠤ ᠪᠠ ᠬᠠᠯᠠᠮᠵᠢᠯᠠᠨ | ᠲᠡᠮᠵᠢᠵᠤ ᠪᠠᠶᠢᠬᠤ ᠪᠠᠨ ᠭᠦᠢᠴᠡᠳ ᠬᠠᠷᠠᠭᠤᠯᠵᠠᠢ᠃ ᠮᠠᠨ ᠤ ᠬᠤᠲᠠ ᠲᠤᠰ ᠤᠳᠠᠭᠠᠨ ᠤ ᠤᠷᠤᠯᠳᠤᠭᠠᠨ ᠢᠶᠠᠷ ᠠᠵᠠ | ᠲᠣᠬᠢᠶᠠᠯ ᠪᠣᠯᠭᠠᠵᠤ᠂ ᠪᠡᠶ᠎ᠡ ᠶᠢᠨ ᠲᠠᠮᠢᠷ ᠵᠡᠷᠭᠡ ᠲᠠᠯ᠎ᠠ ᠪᠠᠷ ᠪᠦᠬᠦ ᠣᠷᠣᠨ ᠤ ᠠᠷᠠᠳ ᠤᠨ ᠠᠭᠠᠷ ᠤᠨ | ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠰᠢᠰᠲ᠋ᠧᠮ᠂ ᠡᠯ᠎ᠡ ᠠᠶᠢᠮᠠᠭ ᠬᠤᠳᠠ ᠯᠤᠭ᠎ᠠ ᠶᠢᠨ ᠰᠣᠯᠢᠯᠴᠠᠭ᠎ᠠ | ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠬᠦ ᠨᠡᠶᠢᠭᠡᠮ ᠳᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠠᠶᠢᠷᠠᠯᠠᠬᠤ | ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠠᠷᠠᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠡᠰ ᠢ ︽ᠠᠮᠢᠯᠠᠭᠤᠯᠵᠤ︾᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠥᠷᠨᠢᠯᠲᠡ ᠶᠢ ︽ᠬᠥᠭᠵᠢᠭᠡᠵᠦ︾᠂ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ | ᠠᠬᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠭᠡ ᠳᠤᠮᠳᠠᠳᠤ ᠤᠯᠤᠰ ᠢ ᠪᠦᠳᠦᠭᠡᠨ | ᠪᠠᠶᠢᠭᠤᠯᠬᠤ ᠳᠤ ᠦᠬᠠᠢ ᠶᠢᠨ ᠬᠦᠴᠦᠨ ᠴᠢᠳᠠᠯ ᠢ ᠨᠡᠮᠡᠷᠢᠯᠡᠨ᠎ᠡ᠃ ᠡᠭᠦᠨ ᠤ ᠬᠠᠮᠲᠤ᠂ ᠪᠢᠳᠡ ᠪᠡᠶ᠎ᠡ ᠶᠢᠨ ᠲᠠᠮᠢᠷ ᠤᠨ | ᠵᠣᠷᠢᠭ ᠰᠠᠨᠠᠭ᠎ᠠ ᠶᠢ ᠤᠷᠤᠯᠳᠤᠭᠠᠨ ᠤ ᠲᠠᠯᠠᠪᠤᠷ ᠠᠴᠠ ᠠᠵᠢᠯ ᠤᠨ ᠲᠠᠯᠠᠪᠤᠷ ᠲᠤ ᠤᠯᠠᠮᠵᠢᠯᠠᠵᠤ᠂ ᠬᠥᠭᠵᠢᠯᠲᠡ ᠶᠢᠨ | ᠠᠵᠠ ᠲᠣᠬᠢᠶᠠᠯ ᠢ ᠡᠵᠡᠮᠳᠡᠵᠦ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠰᠠᠭᠤᠷᠢ ᠲᠥᠬᠦᠭᠡᠷᠦᠮᠵᠢ ᠪᠠᠨ | ᠲᠡᠭᠦᠯᠳᠡᠷᠵᠢᠭᠦᠯᠬᠦ᠂ ᠠᠶᠠᠯᠠᠯ ᠤᠨ ᠱᠤᠭᠤᠮ ᠤᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠬᠦ᠂ ᠠᠭᠠᠷ ᠤᠨ ᠠᠵᠤ | ᠠᠬᠤᠢ ᠶᠢ ᠬᠥᠭᠵᠢᠭᠦᠯᠬᠦ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠣᠷᠣᠨ ᠪᠦᠰᠡ ᠶᠢᠨ | ᠠᠷᠠᠳ ᠤᠨ ᠠᠭᠠᠷ ᠤᠨ ᠲᠡᠭᠡᠭᠡᠪᠦᠷᠢ ᠶᠢᠨ ᠠᠶᠠᠯᠠᠯ ᠨᠡᠪᠲᠡᠷᠡᠬᠦ ᠦᠢᠯᠡᠰ ᠤᠨ ᠴᠡᠴᠡᠭᠯᠡᠨ ᠬᠥᠭᠵᠢᠬᠦ ᠶᠢ ᠭᠠᠷ ᠬᠤᠯᠪᠣᠨ | ᠠᠬᠢᠭᠤᠯᠤᠨ᠎ᠠ ᠭᠡᠵᠡᠢ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠲᠠᠮᠢᠷᠴᠢᠳ ᠤᠨ ᠲᠥᠯᠥᠭᠡᠯᠡᠭᠴᠢ᠂ ᠬᠢᠨᠠᠭᠴᠢ ᠶᠢᠨ ᠲᠥᠯᠥᠭᠡᠯᠡᠭᠴᠢ | ᠲᠤᠰ ᠲᠤᠰ ᠲᠠᠩᠭᠠᠷᠢᠭᠯᠠᠵᠤ᠂ ᠦᠬᠠᠢ ᠶᠢᠨ ᠨᠢᠰᠬᠡᠯ ᠤᠨ ᠪᠠᠭᠤᠳᠠᠯ ᠤᠨ ᠠᠵᠢᠯᠳᠠᠨ᠂ ᠦᠬᠠᠢ ᠶᠢᠨ | ᠤᠯᠠᠭᠠᠨᠮᠥ᠋ᠴᠢᠷ ᠤᠨ ᠲᠣᠭᠯᠠᠭᠴᠢᠳ ᠯᠠ ᠯᠠ ᠲᠠᠮᠢᠷ ᠪᠣᠯᠤᠨ ᠳᠠᠭᠤᠤ ᠪᠥᠵᠢᠭ ᠤᠨ ᠲᠣᠭᠯᠠᠯᠲᠠ ᠭᠠᠷᠭᠠᠵᠠᠢ᠃ | ᠲᠤᠰ ᠤᠳᠠᠭᠠᠨ ᠤ ᠤᠷᠤᠯᠳᠤᠭᠠᠨ 4 ᠡᠳᠦᠷ ᠶᠠᠪᠤᠭᠳᠠᠵᠤ᠂ ᠨᠡᠶᠢᠲᠡ 21 ᠲᠥᠯᠥᠭᠡᠯᠡᠭᠴᠢᠳ ᠤᠨ ᠠᠩᠭᠢ | ᠣᠷᠣᠯᠴᠠᠵᠤ᠂ ᠤᠷᠤᠯᠳᠤᠭᠠᠨ ᠤ ᠵᠦᠢᠯ ᠳᠤ ᠫᠢᠩᠫᠠᠩ ᠪᠥᠮᠪᠦᠭᠡ ᠶᠢᠨ ᠬᠠᠮᠲᠤ ᠶᠢᠨ ᠤᠷᠤᠯᠳᠤᠭᠠᠨ᠂ ᠬᠤᠪᠢ | ᠬᠥᠮᠦᠨ ᠤ ᠤᠷᠤᠯᠳᠤᠭᠠᠨ ᠪᠠ ᠥᠳᠥᠨ ᠪᠥᠮᠪᠦᠭᠡ ᠶᠢᠨ ᠬᠠᠮᠲᠤ ᠶᠢᠨ ᠤᠷᠤᠯᠳᠤᠭᠠᠨ᠂ ᠬᠤᠪᠢ ᠬᠥᠮᠦᠨ ᠤ | ᠤᠷᠤᠯᠳᠤᠭᠠᠨ ᠵᠡᠷᠭᠡ ᠪᠤᠶ᠃ |