ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯ ᠤᠨ ᠲᠣᠬᠢᠷᠠᠭᠤᠯᠤᠯᠲᠠ ᠶᠣᠰᠣᠭᠠᠷ᠂ | 1 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯ ᠳᠤ | ᠣᠷᠣᠯᠴᠠᠭᠰᠠᠨ ᠦᠬᠠᠶ ᠶᠢᠨ ᠲᠥᠯᠥᠭᠡᠯᠡᠭᠴᠢᠳ ᠤᠨ ᠪᠦᠯᠬᠦᠮ ᠪᠥᠬᠦ ᠪᠦᠯᠬᠦᠮ ᠤᠨ ᠬᠤᠷᠠᠯ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ | ᠳᠠᠷᠤᠭ᠎ᠠ ᠵᠧᠩ ᠬᠤᠩ ᠹᠠᠨ ᠬᠤᠷᠠᠯ ᠳᠤ ᠣᠷᠣᠯᠴᠠᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ | ᠬᠤᠷᠠᠯ ᠡᠷᠭᠢᠯᠡᠪᠡ᠃ | ᠬᠤᠷᠠᠯ ᠠᠴᠠ ᠲᠠᠩ ᠢ ᠶᠢ ᠦᠬᠠᠢ ᠶᠢᠨ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠪᠠᠷ ᠰᠣᠩᠭᠤᠵᠤ᠂ | ᠶᠠᠩ ᠶᠢᠨ᠂ ᠹᠧᠩ ᠰᠢᠤᠸᠠᠢ ᠲᠤᠤ ᠶᠢ ᠳᠡᠳ᠋ ᠪᠦᠯᠬᠦᠮ ᠤᠨ ᠳᠠᠷᠤᠭ᠎ᠠ ᠪᠠᠷ ᠰᠣᠩᠭᠤᠪᠠ᠃ ᠬᠤᠷᠠᠯ ᠠᠴᠠ ᠶᠡᠭᠡ | ᠬᠤᠷᠠᠯ ᠤᠨ ᠪᠡᠯᠡᠳᠬᠡᠯ ᠬᠤᠷᠠᠯ ᠤᠨ ᠡᠯ᠎ᠡ ᠵᠦᠢᠯ ᠤᠨ ᠵᠥᠪᠯᠡᠬᠦ ᠵᠦᠢᠯᠡᠰ ᠢᠶᠠᠨ ᠶᠠᠷᠢᠯᠴᠠᠵᠤ᠂ ᠲᠥᠯᠥᠭᠡᠯᠡᠭᠴᠢᠳ ᠤᠨ | ᠪᠦᠯᠬᠦᠮ ᠤᠨ ᠬᠠᠷᠢᠭᠤᠴᠠᠯᠭᠠᠲᠠᠨ᠂ ᠪᠦᠯᠬᠦᠮ ᠢ ᠳᠠᠭᠠᠭᠰᠠᠨ ᠠᠵᠢᠯᠲᠠᠳ ᠤᠨ ᠬᠠᠷᠢᠭᠤᠴᠠᠯᠭᠠᠲᠠᠨ ᠪᠣᠯᠣᠨ ᠶᠡᠭᠡ | ᠬᠤᠷᠠᠯ ᠤᠨ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠬᠤᠷᠠᠯ ᠵᠢᠴᠢ ᠬᠤᠯᠪᠣᠭᠳᠠᠯ ᠪᠦᠬᠦᠢ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ ᠲᠠᠩ ᠢ ᠶᠢ ᠦᠬᠠᠢ ᠶᠢᠨ ᠲᠥᠯᠥᠭᠡᠯᠡᠭᠴᠢᠳ ᠤᠨ ᠪᠦᠯᠬᠦᠮ ᠤᠨ | ᠲᠦᠷ ᠴᠠᠭ ᠤᠨ ᠨᠠᠮ ᠤᠨ ᠡᠭᠦᠷ ᠤᠨ ᠱᠦᠵᠢ ᠪᠠᠷ ᠰᠣᠩᠭᠤᠵᠤ᠂ ᠶᠠᠩ ᠶᠢᠨ᠂ ᠹᠧᠩ ᠰᠢᠤᠸᠠᠢ ᠲᠤᠤ ᠶᠢ ᠳᠡᠳ᠋ | ᠱᠦᠵᠢ ᠪᠠᠷ ᠰᠣᠩᠭᠤᠭᠰᠠᠨ ᠪᠥᠭᠡᠳ ︽ᠬᠤᠶᠠᠷ ᠬᠤᠷᠠᠯ︾ ᠤᠨ ᠨᠠᠮ ᠤᠨ ᠭᠡᠰᠢᠭᠦᠨ ᠤ ᠬᠠᠷᠢᠭᠤᠴᠠᠯᠭᠠᠲᠠᠨ ᠤ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯ ᠪᠣᠯ | ᠪᠦᠬᠦ ᠣᠷᠣᠨ ᠳᠠᠶᠠᠭᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠬᠤ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠲᠤ ᠬᠤᠷᠠᠯᠳᠤᠭᠰᠠᠨ ᠨᠢᠭᠡ ᠣᠳᠠᠭᠠᠨ ᠤ | ᠲᠦᠢᠯ ᠤᠨ ᠴᠢᠬᠤᠯᠠ ᠬᠤᠷᠠᠯ ᠪᠣᠯᠣᠨ᠎ᠠ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠯᠤᠰ | ᠲᠦᠷᠦ ᠶᠢᠨ ᠠᠮᠢᠳᠤᠷᠠᠯ ᠳᠠᠬᠢ ᠨᠢᠭᠡᠨ ᠶᠡᠭᠡ ᠶᠠᠪᠤᠳᠠᠯ ᠪᠣᠯᠣᠨ᠎ᠠ᠃ ᠲᠥᠯᠥᠭᠡᠯᠡᠭᠴᠢᠳ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠨ᠂ | ᠤᠯᠤᠰ ᠲᠥᠷᠥ ᠶᠢ ᠡᠷᠬᠢᠮᠯᠡᠬᠦ ᠱᠠᠭᠠᠷᠳᠠᠯᠭ᠎ᠠ ᠶᠢ ᠬᠢᠨᠠᠨ ᠵᠥᠪᠯᠡᠬᠦ᠂ ᠪᠢᠯᠧᠲ ᠥᠭᠬᠦ᠂ ᠪᠠᠲᠤᠯᠠᠬᠤ ᠵᠡᠷᠭᠡ ᠬᠤᠷᠠᠯ ᠤᠨ | ᠪᠥᠬᠦ ᠶᠠᠪᠤᠴᠠ ᠡᠯ᠎ᠡ ᠲᠠᠯ᠎ᠠ ᠳᠤ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ | ᠴᠢᠨᠠᠷᠲᠠᠶ ᠠᠴᠢ ᠬᠤᠯᠪᠣᠭᠳᠠᠯ ᠢ ᠭᠦᠨᠵᠡᠭᠡᠶ ᠤᠶᠢᠯᠠᠭᠠᠨ᠂ ︽ᠳᠥᠷᠪᠡᠨ ᠤᠬᠠᠮᠰᠠᠷ︾ ᠢᠶᠠᠨ ᠦᠨᠡᠨ ᠬᠦ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ | ᠬᠡᠷᠡᠭᠲᠡᠶ᠃ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠲᠤᠤᠱᠳᠠᠢ ᠭᠦᠢᠴᠡᠳᠬᠡᠵᠦ᠂ ᠡᠯ᠎ᠡ ᠵᠦᠢᠯ ᠤᠨ | ᠠᠵᠢᠯ ᠤᠨ ᠢᠯᠡᠳᠭᠡᠯ ᠪᠣᠯᠤᠨ ᠰᠠᠨᠠᠯ ᠵᠥᠪᠯᠡᠯᠭᠡ ᠶᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠪᠦᠬᠦ ᠣᠷᠣᠨ ᠤ | ᠠᠵᠢᠯ ᠤᠨ ᠶᠡᠭᠡ ᠲᠠᠯ᠎ᠠ ᠳᠤ ᠵᠣᠭᠰᠣᠵᠤ᠂ ᠬᠥᠭᠵᠢᠯᠲᠡ ᠶᠢᠨ ᠳᠤᠮᠳᠠᠬᠢ ᠳᠤᠲᠠᠭᠤᠳᠠᠯ ᠪᠠᠭᠤᠷᠠᠢ ᠲᠠᠯ᠎ᠠ ᠪᠣᠯᠤᠨ | ᠤᠯᠠᠨ ᠲᠦᠮᠡᠨ ᠤ ᠲᠤᠰᠬᠠᠭᠰᠠᠨ ᠪᠠᠴᠢᠮ ᠬᠦᠴᠢᠷ ᠵᠤᠪᠠᠨᠢᠯ ᠡᠷᠡᠮᠡᠯᠵᠡᠯ ᠤᠨ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠦᠨ᠎ᠡ ᠦᠷᠳᠡᠭ ᠲᠠᠢ᠂ ᠴᠢᠨᠠᠷ ᠰᠠᠶᠢᠲᠠᠢ ᠵᠥᠪᠯᠡᠯᠭᠡ ᠪᠣᠯᠤᠨ ᠰᠠᠨᠠᠭᠤᠯᠭ᠎ᠠ ᠶᠢ ᠳᠤᠷᠠᠳᠴᠤ᠂ | ᠠᠷᠠᠳ ᠤᠨ ᠲᠥᠯᠥᠭᠡ ᠢᠳᠡᠪᠬᠢᠲᠡᠢ ᠣᠷᠣᠯᠠᠨ ᠥᠭᠦᠯᠡᠵᠦ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠭ᠎ᠠ ᠤᠬᠠᠭᠠᠨ ᠭᠠᠷᠭᠠᠬᠤ ᠬᠡᠷᠡᠭᠲᠡᠢ᠃ ᠬᠤᠷᠠᠯ ᠤᠨ ᠰᠤᠷᠲᠠᠯ | ᠬᠤᠷᠠᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ︽ᠠᠷᠪᠠ ᠶᠢ ᠴᠢᠩᠭ᠎ᠠ ᠴᠠᠭᠠᠵᠠᠯᠠᠬᠤ︾ ᠬᠤᠭᠤᠴᠠᠭ᠎ᠠ ᠰᠣᠯᠢᠬᠤ | ᠰᠠᠬᠢᠯᠭ᠎ᠠ ᠪᠠᠲᠤ᠂ ᠪᠢᠲᠡᠭᠦᠦ ᠴᠠᠭᠠᠷᠢᠭ ᠤᠨ ᠬᠠᠮᠢᠶᠠᠷᠤᠯᠲᠠ᠂ ᠬᠤᠷᠠᠯ ᠤᠨ ᠰᠠᠬᠢᠯᠭ᠎ᠠ ᠪᠠᠲᠤ ᠵᠡᠷᠭᠡ ᠡᠯ᠎ᠡ ᠵᠦᠢᠯ ᠤᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠶᠢᠨ ᠰᠠᠶᠢᠬᠠᠨ ᠠᠵᠢᠯ ᠤᠨ ᠪᠠᠶᠢᠳᠠᠯ ᠪᠠ ᠰᠤᠷᠲᠠᠯ ᠢᠶᠠᠨ | ᠪᠠᠲᠤᠯᠠᠵᠤ᠂ ᠤᠶᠤᠨ ᠴᠢᠳᠠᠯ ᠢᠶᠠᠨ ᠲᠥᠪᠯᠡᠷᠡᠭᠦᠯᠵᠦ᠂ ᠶᠡᠭᠡ ᠬᠤᠷᠠᠯ ᠢ ᠰᠠᠶᠢᠲᠤᠷ ᠬᠤᠷᠠᠯᠳᠤᠭᠤᠯᠵᠤ᠂ ᠠᠷᠠᠳ | ᠲᠦᠮᠡᠨ ᠤ ᠲᠤᠰᠢᠶᠠᠭᠰᠠᠨ ᠡᠭᠦᠷᠭᠡ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠬᠦ ᠬᠡᠷᠡᠭᠲᠡᠢ ᠭᠡᠵᠡᠢ᠃ |