1 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠮᠠᠨ ᠤ ᠬᠤᠲᠠ ᠺᠠᠳ᠋ᠷᠴᠤᠳ ᠤᠨ ᠶᠡᠭᠡ ᠬᠤᠷᠠᠯ | ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ | ᠬᠤᠷᠠᠯ ᠤᠨ ᠲᠡᠭᠦᠰᠬᠦ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠮᠠᠨ ᠤ | ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠶᠠᠷᠢᠶᠠᠨ ᠤ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠳᠣᠭᠢᠷᠠᠭᠤᠯᠤᠨ | ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ | ᠬᠤᠲᠠ ᠶᠢᠨ ᠤᠳᠤᠷᠢᠳᠤᠯᠭ᠎ᠠ ᠹᠧᠩ ᠰᠢᠤᠸᠠᠢ ᠲᠤᠤ᠂ ᠸᠠᠩ ᠸᠧᠨ ᠵᠢᠶᠧ ᠨᠡᠷ ᠬᠤᠷᠠᠯ ᠳᠤ ᠣᠷᠣᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠪᠣᠯ | ᠪᠦᠬᠦ ᠣᠷᠣᠨ ᠳᠠᠶᠠᠭᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠣᠳᠠᠭᠠᠨ ᠤ ᠴᠢᠬᠤᠯᠠ ᠬᠤᠷᠠᠯ ᠪᠣᠯᠤᠨ᠎ᠠ᠂ | ᠨᠢᠭᠡ ᠣᠳᠠᠭᠠᠨ ᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠭᠰᠠᠨ᠂ ᠡᠷᠴᠢ ᠵᠣᠷᠢᠭ ᠢᠶᠠᠨ | ᠬᠥᠪᠴᠢᠯᠡᠭᠰᠡᠨ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠤᠭᠰᠠᠨ ᠶᠡᠭᠡ ᠬᠤᠷᠠᠯ ᠪᠣᠯᠤᠨ᠎ᠠ᠂ ︽ᠬᠥᠭᠵᠢᠯᠲᠡ ᠶᠢ | ᠲᠦᠷᠭᠡᠳᠬᠡᠬᠦ᠂ ᠬᠥᠭᠵᠢᠯᠲᠡ ᠶᠢ ᠶᠡᠬᠡᠪᠡᠷ ᠠᠳᠬᠤᠬᠤ︾ ᠲᠠᠭᠠᠷᠢᠯᠳᠠ ᠶᠢᠨ ᠪᠦᠷᠢᠶ᠎ᠡ ᠶᠢ ᠬᠠᠩᠭᠢᠨᠠᠭᠤᠯᠤᠭᠰᠠᠨ | ᠪᠠᠶᠢᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠠᠮᠵᠢᠯᠠᠨ ᠰᠤᠷᠤᠯᠴᠠᠬᠤ ᠶᠢ ᠦᠳᠲᠡᠷ ᠲᠦᠷᠭᠡᠨ | ᠵᠣᠬᠢᠶᠠᠨ ᠪᠠᠶᠢᠭᠤᠯᠵᠤ᠂ ᠬᠥᠮᠦᠵᠢᠯ ᠪᠣᠯᠪᠠᠰᠤᠷᠠᠯ ᠢᠶᠠᠨ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠥᠪᠡᠷᠲᠡᠭᠡᠨ | ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠯᠤᠭ᠎ᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠯᠤᠭ᠎ᠠ ᠤᠶᠠᠯᠳᠤᠭᠤᠯᠵᠤ᠂ ᠰᠤᠷᠤᠯᠴᠠᠨ | ᠣᠶᠢᠯᠠᠭᠠᠬᠤ ᠶᠢ ᠠᠭᠤᠰᠤᠯᠴᠠᠭᠤᠯᠤᠨ ᠰᠠᠶᠢᠲᠤᠷ ᠠᠳᠬᠤᠵᠤ᠂ ᠡᠯ᠎ᠡ ᠲᠠᠯ᠎ᠠ ᠶᠢᠨ ᠤᠶᠤᠨ ᠤᠬᠠᠭᠠᠨ ᠬᠦᠴᠦᠨ ᠴᠢᠳᠠᠯ | ᠢᠶᠠᠨ ︽ᠬᠤᠶᠠᠷ ᠬᠤᠷᠠᠯ︾ ᠤᠨ ᠲᠣᠭᠲᠠᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠡᠭᠡᠷ᠎ᠡ ᠦᠨᠡᠨᠬᠦ | ᠨᠢᠭᠲᠠᠷᠠᠭᠤᠯᠬᠤ ᠬᠡᠷᠡᠭᠲᠡᠢ ᠬᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠵᠠᠩᠭᠢᠯᠠᠭ᠎ᠠ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠳᠤ ᠪᠠᠶᠢᠨ᠎ᠠ᠃ ᠠᠵᠤ ᠠᠬᠤᠢ ᠶᠢ ᠲᠣᠭᠲᠠᠭᠤᠨ ᠪᠠᠶᠢᠯᠭᠠᠬᠤ ᠶᠢᠨ | ᠵᠡᠷᠭᠡ ᠳᠤ ᠤᠷᠤᠭᠰᠢᠯᠠᠭᠤᠯᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠠᠶᠢᠲᠤᠷ ᠤᠷᠤᠭᠰᠢᠯᠠᠭᠤᠯᠬᠤ᠂ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠲᠦᠷᠭᠡᠨ ᠤᠷᠤᠭᠰᠢᠯᠠᠬᠤ ᠲᠠᠯ᠎ᠠ ᠪᠠᠷ ᠰᠢᠨ᠎ᠡ ᠡᠭᠦᠷᠭᠡᠯᠡᠯ ᠢ ᠢᠯᠡᠷᠡᠭᠦᠯᠵᠦ᠂ | ᠰᠢᠨ᠎ᠡ ᠦᠷ᠎ᠡ ᠪᠦᠲᠦᠮᠵᠢ ᠣᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ | ᠠᠶᠠᠰ ᠢ ᠪᠠᠷᠢᠮᠲᠠᠯᠠᠵᠤ᠂ ︽ᠳᠤᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ︽ᠵᠢᠯ ᠤᠨ ᠡᠬᠢᠨ ᠳᠤ ᠶᠡᠬᠡᠪᠡᠷ | ᠠᠵᠢᠯᠯᠠᠵᠤ᠂ ᠡᠭᠢᠯᠡᠮᠡᠭᠴᠡ ᠪᠠᠨ ᠬᠤᠷᠳᠣᠴᠠ ᠪᠠᠨ ᠲᠦᠷᠭᠡᠳᠬᠡᠵᠦ᠂ ᠡᠬᠢᠯᠡᠮᠡᠭᠴᠡ ᠪᠠᠨ ᠰᠦᠷ ᠲᠠᠯᠠᠶᠢᠴᠠᠳᠠᠢ ᠪᠠᠶᠢᠬᠤ | ︾ ᠪᠠᠶᠢᠳᠠᠯ ᠢ ᠪᠠᠳᠠᠷᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ | ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠤᠨᠢᠨ ᠳᠡᠭᠡᠷ᠎ᠡ ᠨᠢ ᠬᠦᠴᠦᠯᠡᠨ ᠬᠡᠷᠡᠭᠯᠡᠭᠡ ᠶᠢ ᠠᠬᠢᠭᠤᠯᠵᠤ᠂ ᠦᠬᠠᠢ ᠶᠢᠨ ᠨᠢᠭᠡ ᠣᠷᠣᠨ ᠢᠶᠠᠷ ᠦᠨᠡᠨᠬᠦ ᠪᠦᠬᠦ | ᠣᠷᠣᠨ ᠤ ᠶᠡᠭᠡ ᠲᠠᠯ᠎ᠠ ᠳᠤ ᠦᠢᠯᠡᠴᠢᠯᠡᠵᠦ᠂ ᠨᠡᠩ ᠤᠯᠠᠨ ᠬᠠᠷᠢᠭᠤᠴᠠᠯᠭ᠎ᠠ ᠡᠭᠦᠷᠭᠡᠯᠡᠬᠦ ᠪᠠᠨ ᠢᠯᠡᠷᠡᠭᠦᠯᠵᠦ᠂ ᠨᠡᠩ | ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠠᠵᠤ ᠦᠢᠯᠡᠰ ᠤᠨ ᠪᠣᠬᠢᠷᠲᠤᠯ ᠦᠭᠡᠢ ᠲᠤᠤᠷ᠎ᠠ | ᠨᠡᠭᠦᠷᠡᠰᠦᠲᠥ᠋ᠷᠥᠭᠴᠢᠲᠤ ᠪᠠᠷ ᠬᠡᠯᠪᠡᠷᠢ ᠪᠠᠨ ᠬᠤᠪᠢᠷᠠᠭᠤᠯᠬᠤ᠂ ᠲᠥᠪᠯᠡᠷᠡᠭᠦᠯᠦᠨ ᠡᠷᠴᠢᠮᠵᠢᠭᠦᠯᠦᠨ ᠬᠥᠭᠵᠢᠭᠦᠯᠬᠦ ᠶᠢ | ᠠᠬᠢᠭᠤᠯᠬᠤ ᠲᠠᠯ᠎ᠠ ᠪᠠᠷ ᠰᠢᠨ᠎ᠡ ᠡᠭᠦᠷᠭᠡᠯᠡᠯ ᠢ ᠢᠯᠡᠷᠡᠭᠦᠯᠵᠦ᠂ ᠰᠢᠨ᠎ᠡ ᠦᠷ᠎ᠡ ᠪᠦᠲᠦᠮᠵᠢ ᠣᠯᠵᠤ᠂ ᠠᠮᠢ ᠠᠬᠤᠢ ᠶᠢ | ᠣᠷᠢᠳᠠᠪᠡᠷ ᠪᠤᠲᠤᠯᠭᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ | ᠬᠤᠷᠳᠤᠴᠠ ᠶᠢ ᠪᠤᠶᠢᠵᠢᠭᠤᠯᠬᠤ ᠶᠢ ᠲᠦᠷᠭᠡᠳᠬᠡᠨ ᠠᠬᠢᠭᠤᠯᠵᠤ᠂ ᠬᠦᠴᠦᠨ ᠢᠶᠠᠨ ᠲᠥᠪᠯᠡᠷᠡᠭᠦᠯᠦᠨ ᠮᠢᠩᠭᠠᠨ | ᠳ᠋ᠦᠩᠰᠢᠭᠤᠷ ᠤᠨ ᠬᠤᠶᠠᠷ ᠠᠵᠤ ᠦᠢᠯᠡᠰ ᠤᠨ ᠪᠦᠯᠦᠭᠵᠢᠯ ᠢ ᠴᠣᠭᠴᠠᠯᠠᠵᠤ᠂ ᠵᠠᠭᠤᠨ ᠳ᠋ᠦᠩᠰᠢᠭᠤᠷ ᠤᠨ ᠲᠠᠪᠤᠨ | ᠠᠵᠤ ᠦᠢᠯᠡᠰ ᠤᠨ ᠬᠡᠯᠬᠢᠶ᠎ᠡ ᠶᠢᠨ ᠰᠦᠷᠦᠭᠵᠢᠯ ᠢ ᠦᠨᠡᠨᠬᠦ ᠴᠣᠭᠴᠠᠯᠠᠵᠤ᠂ ᠶᠡᠷᠦᠩᠬᠡᠢ ᠬᠡᠮᠵᠢᠶ᠎ᠡ ᠪᠠᠨ ᠦᠨᠡᠨᠬᠦ | ᠪᠤᠵᠠᠭᠠᠶᠢᠷᠠᠭᠤᠯᠵᠤ᠂ ᠲᠦᠷᠦᠯ ᠵᠦᠢᠯ ᠢ ᠭᠦᠢᠴᠡᠳ ᠴᠤᠭᠯᠠᠭᠤᠯᠵᠤ᠂ ᠠᠵᠤ ᠦᠢᠯᠡᠳᠪᠦᠷᠢ ᠶᠢᠨ ᠶᠡᠷᠦᠩᠬᠡᠢ ᠬᠡᠮᠵᠢᠶ᠎ᠡ | ᠬᠡᠪᠴᠢᠶ᠎ᠡ ᠶᠠᠰᠤ ᠴᠢᠨᠠᠷ ᠢᠶᠠᠨ ᠳᠡᠭᠡᠭᠰᠢᠯᠡᠭᠦᠯᠵᠦ ᠳᠠᠬᠢᠨ ᠢᠶᠠᠷ ᠨᠡᠮᠡᠭᠳᠡᠭᠦᠯᠬᠦ ᠬᠠᠷᠠᠯᠲᠠ ᠶᠢ ᠴᠢᠷᠮᠠᠶᠢᠨ ᠪᠡᠶᠡᠯᠡᠭᠦᠯᠬᠦ | ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠤ ᠳᠤᠲᠠᠭᠤᠳᠠᠯ ᠢᠶᠠᠨ ᠬᠦᠴᠦᠯᠡᠨ ᠨᠥᠬᠦᠪᠥᠷᠢᠯᠡᠵᠦ᠂ ᠠᠮᠢ | ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠤᠪᠤᠶᠢᠮ᠎ᠠ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠲᠤᠷᠰᠢᠯᠭ᠎ᠠ ᠦᠷ᠎ᠡ ᠪᠦᠲᠦᠮᠵᠢ ᠪᠠᠨ ᠴᠠᠭ ᠲᠤᠬᠠᠢ ᠳᠤᠨᠢ ᠳ᠋ᠦᠩᠨᠡᠨ ᠤᠬᠠᠭᠤᠯᠵᠤ᠂ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ | ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠢᠯᠡᠷᠡᠭᠦᠯᠵᠦ᠂ ᠤᠯᠠᠨ | ᠲᠦᠮᠡᠨ ᠤ ᠬᠦᠰᠡᠯ ᠡᠷᠡᠮᠡᠯᠵᠡᠯ ᠢ ᠴᠢᠩᠭ᠎ᠠ ᠠᠩᠬᠠᠷᠴᠤ᠂ ᠰᠤᠷᠭᠠᠨ ᠬᠥᠮᠦᠵᠢᠯ᠂ ᠡᠮᠴᠢᠯᠡᠭᠡ᠂ ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ᠂ ᠨᠢᠭᠡ ᠮᠦᠴᠡᠲᠤ ᠨᠡᠶᠢᠭᠡᠮ ᠲᠣᠭᠤᠷᠢᠭ ᠤᠨ | ᠠᠮᠢᠳᠤᠷᠠᠯ ᠤᠨ ᠬᠦᠷᠢᠶ᠎ᠡ ᠶᠢᠨ ᠪᠦᠳᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢᠶᠠᠨ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ | ᠡᠷᠡᠮᠡᠯᠵᠡᠯ ᠢ ᠨᠡᠩ ᠰᠠᠶᠢᠲᠤᠷ ᠬᠠᠩᠭᠠᠬᠤ ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠴᠠᠭᠠᠨ ᠰᠠᠷ᠎ᠠ ᠣᠶᠢᠷᠠᠳᠴᠤ ᠪᠠᠶᠢᠭ᠎ᠠ ᠦᠶ᠎ᠡ ᠳᠤ᠂ ᠠᠮᠤᠷ ᠲᠦᠪᠰᠢᠨ | ᠪᠣᠯᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ | ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠪᠠᠭᠤᠷᠠᠶᠢᠴᠤᠤᠯ ᠢ ᠠᠪᠤᠷᠠᠨ | ᠲᠤᠰᠠᠯᠠᠬᠤ ᠵᠡᠷᠭᠡ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ | ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠬᠤᠳᠠ ᠶᠢᠨ ᠠᠷᠠᠳ ᠤᠨ ᠳᠤᠯᠠᠭᠠᠨ | ᠪᠦᠯᠢᠶᠡᠨ ᠡᠪᠦᠯᠵᠢᠬᠦ᠂ ᠪᠠᠶᠠᠷ ᠪᠠᠶᠠᠰᠬᠤᠯᠠᠩ ᠲᠠᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ᠂ ᠠᠮᠤᠷ | ᠠᠮᠤᠭᠤᠯᠠᠩ ᠢᠶᠠᠷ ᠰᠢᠨᠡᠯᠡᠬᠦ ᠶᠢ ᠪᠠᠲᠤᠯᠠᠬᠤ ᠬᠡᠷᠡᠭᠲᠡᠢ ᠭᠡᠵᠡᠢ᠃ | ᠭᠤᠷᠪᠠᠨ ᠲᠣᠭᠤᠷᠢᠭ ᠤᠨ ᠺᠠᠳ᠋ᠷᠴᠣᠳ ᠬᠤᠪᠢᠶᠠᠷᠢ ᠬᠤᠷᠠᠯ ᠤᠨ ᠲᠠᠯᠠᠪᠠᠢ ᠳᠤ ᠸᠢᠳᠢᠣ᠋ ᠬᠡᠯᠪᠡᠷᠢ ᠪᠠᠷ | ᠬᠤᠷᠠᠯ ᠳᠤ ᠣᠷᠣᠯᠴᠠᠪᠠ᠃ |